Монгол бичгээ хэрэглэцгээе! Chrome, Internet Explorer, Safari хөтчөөр үзнэ үү!

"Мөнх тэнгэрийн бичиг-2014" монгол бичгийн уран бичлэгийн үзэсгэлэнгийн нээлт болно

2014-11-14

《ᠮᠥᠩᠬᠡ ᠲᠩᠷᠢ ᠶᠢᠨ ᠪᠢᠴᠢᠭ - 2014》 ᠮᠣᠩᠭᠤᠯ ᠪᠢᠴᠢᠭ ᠦᠨ ᠤᠷᠠᠨ ᠪᠢᠴᠢᠯᠭᠡ ᠶᠢᠨ ᠦᠵᠡᠰᠬᠦᠯᠡᠩ ᠦᠨ ᠨᠡᠭᠡᠭᠡᠯᠲᠡ ᠪᠣᠯᠤᠨᠠᠠ



Gogo.mn | 2014 ᠣᠨ ᠤ 11 ᠳᠦᠭᠡᠷ ᠰᠠᠷᠠᠠ ᠶᠢᠨ 14



ᠶᠡᠬᠡ ᠡᠵᠡᠨ ᠴᠢᠩᠭᠢᠰ ᠬᠠᠭᠠᠨ ᠤ ᠮᠡᠨᠳᠦᠯᠡᠭᠰᠡᠨ ᠡᠳᠦᠷ ᠪᠤᠶᠤ 《ᠮᠣᠩᠭᠤᠯ ᠪᠠᠬᠠᠷᠬᠠᠯ ᠤᠨ ᠡᠳᠦᠷ》 ᠲᠦ ᠵᠣᠷᠢᠭᠤᠯᠤᠨ᠂ ᠮᠣᠩᠭᠤᠯ ᠤᠯᠤᠰ ᠤᠨ ᠶᠡᠷᠦᠩᠬᠡᠶᠢᠯᠡᠭᠴᠢ ᠶᠢᠨ ᠰᠠᠨᠠᠭᠠᠴᠢᠯᠭᠠᠠ ᠪᠠᠷ ᠤᠯᠠᠮᠵᠢᠯᠠᠯ ᠪᠣᠯᠭᠠᠨ ᠵᠣᠬᠢᠶᠠᠵᠤ ᠪᠤᠶ 《ᠮᠥᠩᠬᠡ ᠲᠩᠷᠢ ᠶᠢᠨ ᠪᠢᠴᠢᠭ - 2014》 ᠮᠣᠩᠭᠤᠯ ᠪᠢᠴᠢᠭ ᠦᠨ ᠤᠷᠠᠨ ᠪᠢᠴᠢᠯᠭᠡ ᠶᠢᠨ ᠰᠢᠯᠢᠳᠡᠭ ᠪᠦᠲᠦᠭᠡᠯ ᠦᠨ ᠦᠵᠡᠰᠬᠦᠯᠡᠩ ᠦᠨ ᠨᠡᠭᠡᠭᠡᠯᠲᠡ ᠶᠢᠨ ᠶᠣᠰᠤᠯᠠᠯ 2014 ᠣᠨ ᠤ 11 ᠳᠦᠭᠡᠷ ᠰᠠᠷᠠᠠ ᠶᠢᠨ 17 ᠤ 11.40 (ᠮᠣᠷᠢᠨ ᠴᠠᠭ) ᠲᠤ ᠮᠣᠩᠭᠤᠯ ᠤᠨ ᠤᠷᠠᠨ ᠵᠢᠷᠤᠭ ᠤᠨ ᠭᠠᠯᠧᠷᠧᠶ ᠶᠢᠨ ᠦᠵᠡᠰᠬᠦᠯᠡᠩ ᠦᠨ ᠲᠠᠩᠬᠢᠮ ᠳᠤ ᠪᠣᠯᠤᠨᠠᠠ᠃

ᠮᠣᠩᠭᠤᠯ ᠤᠯᠤᠰ ᠤᠨ ᠶᠡᠷᠦᠩᠬᠡᠶᠢᠯᠡᠭᠴᠢ 2010 ᠣᠨ ᠳᠤ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢ ᠰᠡᠷᠭᠦᠭᠡᠨ ᠲᠣᠭᠲᠠᠭᠠᠭᠰᠠᠨ ᠤ 100 ᠵᠢᠯ ᠦᠨ ᠣᠶ ᠶᠢ ᠤᠭᠲᠤᠵᠤ ᠮᠣᠩᠭᠤᠯ ᠪᠢᠴᠢᠭ ᠢᠶᠡᠨ ᠰᠡᠷᠭᠦᠭᠡᠨ ᠬᠡᠷᠡᠭᠯᠡᠬᠦ ᠲᠥᠷᠦ ᠶᠢᠨ ᠪᠣᠳᠤᠯᠭᠠᠠ ᠶᠢᠨ ᠬᠡᠷᠡᠭᠵᠢᠯᠲᠡ ᠶᠢ ᠢᠳᠡᠪᠬᠢᠵᠢᠭᠦᠯᠬᠦ ᠵᠣᠷᠢᠯᠭᠠᠠ ᠪᠠᠷ ᠮᠣᠩᠭᠤᠯ ᠪᠢᠴᠢᠭ ᠦᠨ ᠠᠯᠪᠠᠨ ᠬᠡᠷᠡᠭᠯᠡᠭᠡ ᠶᠢ ᠨᠡᠮᠡᠭᠳᠡᠭᠦᠯᠬᠦ ᠵᠠᠷᠢᠮ ᠠᠷᠭᠠᠠ ᠬᠡᠮᠵᠢᠶᠡᠨ ᠦ ᠲᠤᠬᠠᠶ 155 ᠳᠤᠭᠠᠷ ᠵᠠᠷᠯᠢᠭ ᠭᠠᠷᠭᠠᠭᠰᠠᠨ ᠪᠢᠯᠡ᠃

ᠤᠭ ᠵᠠᠷᠯᠢᠭ ᠲᠤ ᠮᠣᠩᠭᠤᠯ ᠤᠯᠤᠰ ᠤᠨ ᠶᠡᠷᠦᠩᠬᠡᠶᠢᠯᠡᠭᠴᠢ᠂ ᠤᠯᠤᠰ ᠤᠨ ᠶᠡᠬᠡ ᠬᠤᠷᠠᠯ ᠤᠨ ᠳᠠᠷᠤᠭᠠᠠ ᠂ᠶᠡᠷᠦᠩᠬᠡᠶ ᠰᠠᠶᠢᠳ ᠪᠣᠯᠤᠨ ᠵᠠᠰᠠᠭ ᠤᠨ ᠭᠠᠵᠠᠷ ᠤᠨ ᠭᠡᠰᠢᠭᠦᠳ ᠡᠴᠡ ᠭᠠᠳᠠᠭᠠᠳᠤ ᠤᠯᠤᠰ ᠤᠨ ᠠᠳᠠᠯᠢᠳᠬᠠᠬᠤ ᠲᠦᠪᠰᠢᠨ ᠦ ᠠᠯᠪᠠᠨ ᠲᠤᠰᠢᠶᠠᠯᠲᠠᠨ ᠳᠤ ᠢᠯᠡᠭᠡᠬᠦ ᠠᠯᠪᠠᠨ ᠪᠢᠴᠢᠭ᠂ ᠵᠠᠬᠢᠳᠠᠯ ᠢ ᠮᠣᠩᠭᠤᠯ ᠪᠢᠴᠢᠭ ᠢᠶᠡᠷ ᠦᠢᠯᠡᠳᠴᠦ᠂ ᠣᠷᠴᠢᠭᠤᠯᠭᠠᠠ ᠶᠢ ᠲᠤᠬᠠᠶ ᠶᠢᠨ ᠤᠯᠤᠰ ᠤᠨ ᠡᠰᠡᠪᠡᠯ ᠨᠢᠭᠡᠳᠦᠭᠰᠡᠨ ᠦᠨᠳᠦᠰᠦᠲᠡᠨ ᠦ ᠪᠠᠶᠢᠭᠤᠯᠤᠯᠭᠠᠠ ᠶᠢᠨ ᠠᠯᠪᠠᠨ ᠶᠣᠰᠤᠨ ᠤ ᠠᠯᠢ ᠨᠢᠭᠡ ᠬᠡᠯᠡ ᠪᠡᠷ ᠬᠠᠪᠰᠤᠷᠭᠠᠨ ᠢᠯᠡᠭᠡᠵᠦ ᠪᠠᠶᠢᠬᠤ᠂ ᠢᠷᠭᠡᠨ ᠦ ᠲᠥᠷᠦᠭᠰᠡᠨ ᠦ ᠪᠣᠯᠤᠨ ᠭᠡᠷᠯᠡᠯᠲᠡ ᠶᠢᠨ ᠭᠡᠷᠡᠴᠢᠯᠡᠭᠡ᠂ ᠪᠦᠬᠦ ᠱᠠᠲᠤᠨ ᠤ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭᠠᠠ ᠠᠴᠠ ᠣᠯᠭᠤᠵᠤ ᠪᠤᠶ ᠦᠨᠡᠮᠯᠡᠬᠦ᠂ ᠳ᠋ᠢᠫᠯᠣᠮ᠂ ᠭᠡᠷᠡᠴᠢᠯᠡᠭᠡ ᠶᠢ ᠻᠢᠷᠢᠯ ᠪᠣᠯᠤᠨ ᠮᠣᠩᠭᠤᠯ ᠪᠢᠴᠢᠭ ᠢᠶᠡᠷ ᠵᠡᠷᠭᠡᠴᠡᠭᠦᠯᠦᠨ ᠪᠢᠴᠢᠬᠦ ᠵᠡᠷᠭᠡ ᠵᠢᠭᠠᠯᠲᠠ ᠣᠷᠤᠭᠤᠯᠤᠭᠰᠠᠨ ᠨᠢ ᠪᠦᠷᠢᠨ ᠬᠡᠷᠡᠭᠵᠢᠵᠦ ᠪᠠᠶᠢᠨᠠᠠ᠃

ᠮᠣᠩᠭᠤᠯ ᠤᠯᠤᠰ ᠤᠨ ᠶᠡᠷᠦᠩᠬᠡᠶᠢᠡᠯᠭᠴᠢ ᠶᠢᠨ ᠲᠠᠮᠠᠭᠠᠠ ᠶᠢᠨ ᠭᠠᠵᠠᠷ 2011 ᠣᠨ ᠠᠴᠠ ᠡᠬᠢᠯᠡᠨ ᠮᠣᠩᠭᠤᠯ ᠪᠢᠴᠢᠭ ᠦᠨ ᠤᠷᠠᠨ ᠪᠢᠴᠢᠯᠭᠡ ᠶᠢᠨ 《ᠮᠥᠩᠬᠡ ᠲᠩᠷᠢ ᠶᠢᠨ ᠪᠢᠴᠢᠭ》 ᠰᠢᠯᠢᠳᠡᠭ ᠪᠦᠲᠦᠭᠡᠯ ᠦᠨ ᠦᠵᠡᠰᠬᠦᠯᠡᠩ ᠢ ᠵᠣᠬᠢᠶᠠᠨ ᠪᠠᠶᠢᠭᠤᠯᠵᠤ᠂ ᠦᠵᠡᠰᠬᠦᠯᠡᠩ ᠳᠦ ᠣᠷᠤᠯᠴᠠᠭᠰᠠᠨ ᠪᠦᠲᠦᠭᠡᠯ ᠢᠶᠡᠷ ᠲᠣᠪᠬᠢᠮᠠᠯ ᠬᠡᠪᠯᠡᠭᠦᠯᠵᠦ ᠬᠡᠪᠰᠢᠯᠡᠡ᠃ ᠮᠣᠩᠭᠤᠯ ᠪᠢᠴᠢᠭ ᠦᠨ ᠬᠡᠷᠡᠭᠯᠡᠭᠡ ᠶᠢ ᠨᠡᠮᠡᠭᠳᠡᠭᠦᠯᠬᠦ᠂ ᠰᠤᠷᠲᠠᠯᠴᠢᠯᠠᠨ ᠲᠠᠨᠢᠭᠤᠯᠬᠤ ᠵᠣᠷᠢᠯᠭᠠᠠ ᠪᠠᠷ ᠰᠡᠯᠡᠩᠭᠡ᠂ ᠪᠠᠶᠠᠩᠬᠣᠩᠭᠤᠷ᠂ ᠳᠤᠮᠳᠠᠭᠣᠪᠢ᠂ ᠠᠷᠤᠬᠠᠨᠩᠭᠠᠶ᠂ ᠣᠷᠬᠤᠨ ᠠᠶᠢᠮᠠᠭ ᠲᠤ ᠮᠣᠩᠭᠤᠯ ᠪᠢᠴᠢᠭ ᠦᠨ ᠤᠷᠠᠨ ᠪᠢᠴᠢᠯᠭᠡ ᠶᠢᠨ ᠦᠵᠡᠰᠬᠦᠯᠡᠩ᠂ ᠰᠤᠷᠭᠠᠯᠲᠠ ᠵᠣᠬᠢᠶᠠᠨ ᠪᠠᠶᠢᠭᠤᠯᠪᠠ᠃ ᠮᠥᠨ ᠮᠣᠩᠭᠤᠯ ᠤᠯᠤᠰ ᠤᠨ ᠶᠡᠷᠦᠩᠬᠡᠶᠢᠯᠡᠭᠴᠢ ᠶᠢᠨ ᠴᠠᠬᠢᠮ ᠬᠠᠭᠤᠳᠠᠰᠤ ᠶᠢ ᠮᠣᠩᠭᠤᠯ ᠪᠢᠴᠢᠭ ᠢᠶᠡᠷ ᠬᠥᠲᠦᠯᠵᠦ᠂ ᠶᠡᠷᠦᠩᠬᠡᠶᠢᠯᠡᠭᠴᠢ ᠶᠢᠨ ᠪᠣᠳᠤᠯᠭᠠᠠ᠂ ᠦᠶᠯᠡ ᠠᠵᠢᠯᠯᠠᠭᠠᠠ ᠶᠢ ᠳᠡᠯᠡᠬᠡᠶ ᠶᠢᠨ ᠬᠠᠮᠢᠭᠠᠠ ᠠᠴᠠ ᠴᠤ ᠤᠩᠰᠢᠬᠤ ᠪᠣᠯᠤᠮᠵᠢ ᠶᠢ ᠪᠦᠷᠢᠳᠦᠭᠦᠯᠡᠨ ᠠᠵᠢᠯᠯᠠᠵᠤ ᠪᠠᠶᠢᠨᠠᠠ᠃

《ᠮᠥᠩᠬᠡ ᠲᠩᠷᠢ ᠶᠢᠨ ᠪᠢᠴᠢᠭ - 2014》 ᠮᠣᠩᠭᠤᠯ ᠪᠢᠴᠢᠭ ᠦᠨ ᠤᠷᠠᠨ ᠪᠢᠴᠢᠯᠭᠡ ᠶᠢᠨ ᠰᠢᠯᠢᠳᠡᠭ ᠪᠦᠲᠦᠭᠡᠯ ᠦᠨ ᠦᠵᠡᠰᠬᠦᠯᠡᠩ ᠢ 2014 ᠣᠨ ᠤ 11 ᠳᠦᠭᠡᠷ ᠰᠠᠷᠠᠠ ᠶᠢᠨ 17-24 ᠳᠦ ᠦᠵᠡᠬᠦ ᠪᠣᠯᠤᠮᠵᠢᠲᠠᠶ ᠶᠤᠮ



No comments:

Post a Comment