Монгол бичгээ хэрэглэцгээе! Chrome, Internet Explorer, Safari хөтчөөр үзнэ үү!

Монгол шагайн харвааг ЮНЕСКО-гийн соёлын биет бус өвөөр бүртгэлээ

2014-11-28

ᠮᠣᠩᠭᠤᠯ ᠱᠠᠭ᠎ᠠ ᠶᠢᠨ ᠬᠠᠷᠪᠤᠭ᠎ᠠ ᠶᠢ ᠶᠦᠨᠧᠰᠻᠣ ᠶᠢᠨ ᠰᠣᠶᠤᠯ ᠤᠨ ᠪᠡᠶᠡᠲᠦ ᠪᠤᠰᠤ ᠥᠪ ᠢᠶᠡᠷ ᠪᠦᠷᠢᠳᠬᠡᠯ᠎ᠡ



ᠭ᠊᠂ ᠤᠶᠠᠩᠭ᠎ᠠ | Olloo.mn | 2014 ᠣᠨ ᠤ 11 ᠳᠦᠭᠡᠷ ᠰᠠᠷ᠎ᠠ ᠶᠢᠨ 28



ᠹᠷᠠᠨ᠋ᠼᠠ ᠤᠯᠤᠰ ᠤᠨ ᠨᠡᠶᠢᠰᠯᠡᠯ ᠫᠠᠷᠢᠰ ᠬᠣᠲᠠᠨ᠎ᠠ ᠡᠨᠡ ᠰᠠᠷ᠎ᠠ ᠶᠢᠨ 24-28 ᠤ ᠡᠳᠦᠷ ᠦᠳ ᠲᠦ ᠪᠣᠯᠤᠭᠰᠠᠨ ᠨᠢᠭᠡᠳᠦᠭᠰᠡᠨ ᠦᠨᠳᠦᠰᠦᠲᠡᠨ ᠦ ᠪᠠᠶᠢᠭᠤᠯᠤᠯᠭ᠎ᠠ ᠶᠢᠨ ᠪᠣᠯᠪᠠᠰᠤᠷᠠᠯ᠂ ᠰᠢᠨᠵᠢᠯᠡᠬᠦ ᠤᠬᠠᠭᠠᠨ᠂ ᠰᠣᠶᠤᠯ ᠤᠨ ᠪᠠᠶᠢᠭᠤᠯᠤᠯᠭ᠎ᠠ (ᠶᠦᠨᠧᠰᠻᠣ) ᠶᠢᠨ ᠰᠣᠶᠤᠯ ᠤᠨ ᠪᠡᠶᠡᠲᠦ ᠪᠤᠰᠤ ᠥᠪ ᠦᠨ ᠻᠣᠨᠸᠧᠨᠼᠢ ᠶᠢᠨ ᠵᠠᠰᠠᠭ ᠤᠨ ᠭᠠᠵᠠᠷ ᠬᠣᠭᠤᠷᠤᠨᠳᠤ ᠶᠢᠨ ᠬᠣᠷᠢᠶᠠᠨ ᠤ 9 ᠳᠦᠭᠡᠷ ᠬᠤᠷᠠᠯᠳᠤᠭᠠᠨ ᠠᠴᠠ ᠮᠣᠩᠭᠤᠯ ᠱᠠᠭ᠎ᠠ ᠶᠢᠨ ᠬᠠᠷᠪᠤᠭ᠎ᠠ ᠶᠢ ᠰᠣᠶᠤᠯ ᠤᠨ ᠪᠡᠶᠡᠲᠦ ᠪᠤᠰᠤ ᠥᠪ ᠦᠨ ᠲᠥᠯᠦᠭᠡᠯᠡᠯ ᠦᠨ ᠵᠢᠭᠰᠠᠭᠠᠯᠲᠠ ᠳᠤ ᠪᠦᠷᠢᠳᠬᠡᠬᠦ ᠪᠡᠷ ᠰᠢᠢᠳᠪᠦᠷᠢ ᠭᠠᠷᠭᠠᠯ᠎ᠠ᠃ ᠴᠢᠩᠭᠢᠭᠰᠡᠨ ᠢᠶᠡᠷ ᠮᠣᠩᠭᠤᠯ ᠤᠯᠤᠰ ᠶᠦᠨᠧᠰᠻᠣ ᠶᠢᠨ ᠰᠣᠶᠤᠯ ᠤᠨ ᠪᠡᠶᠡᠲᠦ ᠪᠤᠰᠤ ᠥᠪ ᠦᠨ ᠵᠢᠭᠰᠠᠭᠠᠯᠲᠠ ᠳᠤ ᠨᠡᠶᠢᠲᠡ 12 ᠥᠪ ᠪᠦᠷᠢᠳᠭᠡᠭᠦᠯᠦᠭᠡᠳ ᠪᠠᠶᠢᠨ᠎ᠠ᠃

ᠳᠡᠭᠡᠷᠡᠬᠢ ᠬᠣᠷᠢᠶᠠᠨ ᠤ ᠡᠨᠡ ᠤᠳᠠᠭ᠎ᠠ ᠶᠢᠨ ᠡᠭᠡᠯᠵᠢᠲᠦ ᠬᠤᠷᠠᠯᠳᠤᠭᠠᠨ ᠳᠤ ᠮᠣᠩᠭᠤᠯ ᠤᠯᠤᠰ ᠠᠴᠠ ᠶᠦᠨᠧᠰᠻᠣ ᠶᠢᠨ ᠳᠡᠷᠭᠡᠳᠡ ᠰᠠᠭᠤᠭ᠎ᠠ ᠪᠠᠶᠢᠩᠭᠤ ᠶᠢᠨ ᠲᠥᠯᠦᠭᠡᠯᠡᠭᠴᠢ ᠮ᠊᠂ ᠪᠠᠲᠤᠰᠠᠶᠢᠬᠠᠨ ᠲᠡᠷᠢᠭᠦᠲᠡᠶ ᠲᠥᠯᠦᠭᠡᠯᠡᠭᠴᠢᠳ ᠣᠷᠤᠯᠴᠠᠭᠰᠠᠨ ᠠᠴᠠ ᠭᠠᠳᠠᠨ᠎ᠠ ᠮᠣᠩᠭᠤᠯ ᠱᠠᠭ᠎ᠠ ᠶᠢᠨ ᠬᠠᠷᠪᠤᠭᠠᠨ ᠤ ᠬᠣᠯᠪᠤᠭ᠎ᠠ ᠪᠣᠯᠤᠨ ᠶᠦᠷᠣᠫᠠ ᠳᠠᠬᠢ ᠮᠣᠩᠭᠤᠯ ᠱᠠᠭ᠎ᠠ ᠶᠢᠨ ᠬᠠᠷᠪᠤᠭᠠᠨ ᠤ ᠬᠣᠯᠪᠤᠭᠠᠨ ᠤ ᠭᠡᠰᠢᠭᠦᠳ ᠱᠠᠭ᠎ᠠ ᠶᠢᠨ ᠬᠠᠷᠪᠤᠭ᠎ᠠ ᠶᠢ ᠰᠣᠨᠢᠷᠬᠠᠭᠤᠯᠪᠠ᠃

ᠮᠠᠨᠠᠶ ᠤᠯᠤᠰ ᠶᠦᠨᠧᠰᠻᠣ ᠶᠢᠨ ᠰᠣᠶᠤᠯ ᠤᠨ ᠪᠡᠶᠡᠲᠦ ᠪᠤᠰᠤ ᠥᠪ ᠦᠨ ᠻᠣᠨᠸᠧᠨᠼᠢ ᠶᠢᠨ ᠵᠠᠰᠠᠭ ᠤᠨ ᠭᠠᠵᠠᠷ ᠬᠣᠭᠤᠷᠤᠨᠳᠤ ᠶᠢᠨ ᠬᠣᠷᠢᠶᠠᠨ ᠤ 24 ᠭᠡᠰᠢᠭᠦᠨ ᠦ ᠨᠢᠭᠡ ᠪᠡᠷ 2014 ᠣᠨ ᠤ 6 ᠳᠤᠭᠠᠷ ᠰᠠᠷ᠎ᠠ ᠶᠢᠨ 4 ᠳᠦ ᠰᠣᠩᠭᠤᠭᠳᠠᠭᠰᠠᠨ ᠪᠥᠭᠡᠳ 2018 ᠣᠨ ᠢ ᠬᠦᠷᠲᠡᠯ᠎ᠡ 4 ᠵᠢᠯ ᠠᠵᠢᠯᠯᠠᠨ᠎ᠠ᠃ ᠲᠤᠰ ᠬᠣᠷᠢᠶ᠎ᠠ ᠨᠢ ᠭᠡᠰᠢᠭᠦᠨ ᠣᠷᠤᠨ ᠨᠤᠭᠤᠳ ᠠᠴᠠ ᠨᠡᠷ᠎ᠡ ᠳᠡᠪᠰᠢᠭᠦᠯᠦᠭᠰᠡᠨ ᠰᠣᠶᠤᠯ ᠤᠨ ᠪᠡᠶᠡᠲᠦ ᠪᠤᠰᠤ ᠥᠪ ᠢ ᠪᠦᠷᠢᠳᠬᠡᠬᠦ᠂ ᠬᠠᠮᠠᠭᠠᠯᠠᠬᠤ᠂ ᠬᠠᠳᠠᠭᠠᠯᠠᠬᠤ ᠵᠣᠷᠢᠯᠭ᠎ᠠ ᠪᠠᠷ ᠤᠯᠤᠰ ᠣᠷᠤᠨ ᠨᠤᠭᠤᠳ ᠲᠤ ᠰᠠᠩᠬᠦᠦ ᠶᠢᠨ ᠲᠤᠰᠠᠯᠠᠮᠵᠢ ᠦᠵᠡᠭᠦᠯᠬᠦ᠂ ᠲᠥᠰᠦᠯ ᠬᠥᠲᠦᠯᠪᠦᠷᠢ ᠬᠡᠷᠡᠭᠵᠢᠭᠦᠯᠬᠦ᠂ ᠲᠥᠷᠦ ᠶᠢᠨ ᠪᠤᠰᠤ ᠪᠠᠶᠢᠭᠤᠯᠤᠯᠭ᠎ᠠ ᠨᠤᠭᠤᠳ ᠲᠠᠶ ᠬᠠᠮᠲᠤᠷᠠᠨ ᠠᠵᠢᠯᠯᠠᠬᠤ ᠵᠡᠷᠭᠡ ᠪᠡᠷ ᠰᠣᠶᠤᠯ ᠤᠨ ᠪᠡᠶᠡᠲᠦ ᠪᠤᠰᠤ ᠥᠪ ᠦᠨ ᠻᠣᠨᠸᠧᠨᠼᠢ ᠶᠢᠨ ᠵᠣᠷᠢᠯᠭ᠎ᠠ᠂ ᠦᠵᠡᠯ ᠰᠠᠨᠠᠭ᠎ᠠ ᠶᠢ ᠬᠡᠷᠡᠭᠵᠢᠭᠦᠯᠬᠦ ᠡᠭᠦᠷᠭᠡ ᠲᠡᠶ ᠪᠠᠶᠢᠭᠤᠯᠤᠯᠭ᠎ᠠ ᠪᠢᠯᠡ

No comments:

Post a Comment